︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ᠪᠣᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠬᠠᠮᠢᠶᠠᠷᠴᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠠᠴᠠ ᠡᠷᠬᠢᠯᠡᠨ ᠨᠠᠶᠢᠷᠠᠭᠤᠯᠤᠨ ᠬᠡᠪᠯᠡᠭᠦᠯᠦᠭᠰᠡᠨ ᠪᠦᠬᠦ ᠨᠡᠶᠢᠬᠡᠮ ᠳᠠᠶᠠᠭᠠᠷ ᠲᠤ ᠲᠠᠷᠬᠠᠭᠠᠵᠤ ᠪᠠᠶᠢᠭ᠎ᠠ ᠠᠯᠪᠠᠨ ᠪᠠᠶᠢᠭᠤᠯᠭ᠎ᠠ ᠶᠢᠨ ᠰᠡᠳᠬᠦᠯ ᠪᠣᠯᠣᠨ᠎ᠠ᠂ ᠵᠠᠰᠠᠭ ᠵᠠᠬᠢᠷᠭᠠᠨ ᠤ ᠬᠠᠤᠯᠢ ᠳᠦᠷᠢᠮ ᠪᠣᠯᠣᠨ ᠳᠦᠷᠢᠮ ᠲᠣᠭᠲᠠᠭᠠᠯ ᠢ ᠨᠡᠶᠢᠲᠡᠯᠡᠬᠦ ᠬᠠᠤᠯᠢ ᠶᠣᠰᠣᠨ ᠤ ᠠᠴᠢᠶᠠᠯᠠᠪᠤᠷᠢ ᠪᠣᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠩᠭᠠᠳᠬᠠᠬᠤ᠂ ᠬᠠᠤᠯᠢ ᠶᠣᠰᠣᠭᠠᠢ ᠵᠠᠰᠠᠭ ᠪᠠᠷᠢᠬᠤ ᠶᠢ ᠲᠦᠷᠭᠡᠳᠬᠡᠬᠦ᠂ ᠨᠠᠮ ᠪᠠ ᠵᠠᠰᠠᠭ ᠤᠨ ᠣᠷᠳᠣᠨ ᠠᠴᠠ ᠠᠷᠠᠳ ᠲᠦᠮᠡᠨ ᠲᠠᠢ ᠨᠢᠭᠲᠠ ᠬᠠᠷᠢᠯᠴᠠᠬᠤ ᠵᠡᠷᠭᠡ ᠲᠠᠯ᠎ᠠ ᠪᠠᠷ ᠴᠢᠬᠤᠯᠠ ᠶᠡᠭᠡ ᠦᠢᠯᠡᠳᠦᠯ ᠦᠵᠡᠭᠦᠯᠵᠦ ᠪᠠᠶᠢᠭ᠎ᠠ ᠶᠤᠮ᠃
︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ᠶᠢᠨ ᠮᠣᠩᠭᠤᠯ ᠬᠡᠯᠡᠨ ᠤ ᠰᠡᠳᠬᠦᠯ ᠨᠢ ᠰᠡᠳᠬᠦᠯ ᠪᠠᠶᠢᠵᠤ᠂ ᠭᠤᠣᠯᠳᠠᠭᠤ ᠭᠠᠵᠠᠷ ᠣᠷᠣᠨ ᠤ ᠰᠢᠨᠵᠢᠲᠡᠢ ᠬᠠᠤᠯᠢ ᠳᠦᠷᠢᠮ ᠪᠣᠯᠣᠨ ᠳᠦᠷᠢᠮ ᠲᠣᠭᠲᠠᠭᠠᠯ᠂ ᠬᠤᠲᠠ ᠶᠢᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ᠵᠠᠰᠠᠭ ᠤᠨ ᠣᠷᠳᠣᠨ ᠤ ᠠᠯᠪᠠᠨ ᠤᠨ ᠪᠢᠴᠢᠭ ᠮᠠᠲ᠋ᠧᠷᠢᠶᠠᠯ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠢᠬᠤᠯᠠ ᠶᠠᠷᠢᠶ᠎ᠠ ᠵᠢᠴᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠨ ᠨᠡᠶᠢᠲᠡᠯᠡᠭᠦᠯᠦᠭᠰᠡᠨ ᠪᠣᠰᠣᠳ ᠪᠢᠴᠢᠭ ᠮᠠᠲ᠋ᠧᠷᠢᠶᠠᠯ ᠢ ᠨᠡᠶᠢᠲᠡᠯᠡᠨ᠎ᠡ᠃ ᠲᠥᠯᠥᠪᠦᠷᠢ ᠦᠭᠡᠢ ᠬᠦᠷᠭᠡᠬᠦ ᠮᠠᠶ᠋ᠢᠭ ᠢᠶᠠᠷ ᠲᠤᠰ ᠭᠠᠵᠠᠷ ᠣᠷᠣᠨ ᠤ ᠨᠠᠮ ᠵᠠᠰᠠᠭ ᠤᠨ ᠪᠠᠶᠢᠭᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠠᠩᠰᠠ ᠡᠪᠬᠡᠮᠡᠯ ᠤᠨ ᠲᠣᠪᠴᠢᠶ᠎ᠠ᠂ ᠣᠯᠠᠨ ᠨᠡᠶᠢᠲᠡ ᠶᠢᠨ ᠨᠣᠮ ᠤᠨ ᠰᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠥᠪ ︵ᠦᠢᠯᠡᠴᠢᠯᠡᠭᠡ ᠶᠢᠨ ᠲᠥᠪ︶ ᠵᠢᠴᠢ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠵᠡᠷᠭᠡ ᠬᠡᠪᠴᠢᠶᠡᠨ ᠳᠤ ᠲᠠᠷᠬᠠᠭᠠᠨ᠎ᠠ᠃
ᠵᠥᠪᠯᠡᠭᠴᠢ
ᠡᠷᠬᠢᠯᠡᠭᠴᠢ
ᠳᠳ᠋ ᠬᠣᠣ
ᠭᠡᠰᠢᠭᠦᠨ
ᠨᠠᠶᠢᠷᠠᠭᠤᠯᠤᠭᠴᠢ
ᠣᠷᠴᠢᠭᠤᠯᠭ᠎ᠠ ᠶᠢ
ᠬᠠᠷᠢᠭᠤᠴᠠᠨ
ᠬᠣᠣᠰ
ᠬᠠᠶ᠋ᠢᠭ
ᠰᠢᠤᠳᠠᠨ 010010